ᠪᠠᠶᠢᠭᠠᠯᠢ ᠶ᠋ᠢᠨ ᠲᠡᠦᢈᠡ ᠶ᠋ᠢᠨ ᠮᠦᠽᠧᠢ

ᠡᠷᠳᠡᠮ ᠰᠢᠨᠵᠢᠯᠡᢉᠡᠨ ᠦ᠋ ᠬᠤᠷᠠᠯ

᠒᠐᠒᠕ᠤᠨ ᠑᠑ᠰᠠᠷ᠎ᠠ ᠶᠢᠨ ᠒᠖

“ᠣᠶᠤᠨᠯᠢᠭ ᠣᠶᠤᠲᠠᠨ” ᠡᠷᠳᠡᠮ ᠰᠢᠨᠵᠢᠯᠡᢉᠡᠨ ᠦ᠋ ᠬᠤᠷᠠᠯ ᠣᠶᠤᠨᠯᠢᠭ

ᠣᠶᠤᠲᠠᠨ ᠡᠷᠳᠡᠮ ᠰᠢᠨᠵᠢᠯᠡᢉᠡᠨ ᠦ᠋ ᠪᠠᠭ ᠠ ᠬᠤᠷᠠᠯ ᠢ᠋ ᠵᠢᠯ ᠪᠦᠷᠢ ᠶ᠋ᠢᠨ ᠔-᠕ ᠳ᠋᠋ᠤᠭᠠᠷ ᠰᠠᠷ ᠠ ᠳ᠋ᠤ ᠶᠡᢈᠡ᠂ ᠳᠡᢉᠡᠳᠦ ᠰᠤᠷᠭᠠᠭᠤᠯᠢ ᠨᠤᠭᠤᠳ ᠲᠤ ᠪᠠᠶᠢᠭᠠᠯᠢ ᠶ᠋ᠢᠨ ᠰᠢᠨᠵᠢᠯᠡᢈᠦ ᠤᠬᠠᠭᠠᠨ ᠤ᠋ ᠴᠢᢉᠯᠡᠯ ᠢ᠋ᠶᠡᠷ ᠰᠤᠷᠤᠯᠴᠠᠵᠤ ᠪᠤᠢ ᠣᠶᠤᠲᠠᠨ ᠨᠤᠭᠤᠳ ᠤ᠋ᠨ ᠳᠤᠮᠳᠠ ᠵᠣᢈᠢᠶᠠᠨ ᠪᠠᠶᠢᠭᠤᠯᠳᠠᠭ᠃ ᠡᠨᠡ ᢈᠦ ᠬᠤᠷᠠᠯ ᠨᠢ ᠣᠶᠤᠲᠠᠨ ᠨᠤᠭᠤᠳ ᠲᠤ ᠰᠤᠳᠤᠯᠭᠠᠨ ᠤ᠋ ᠠᠵᠢᠯ ᠤ᠋ᠨ ᠦᠷ ᠡ ᠳ᠋ᠦᠩ᠂ ᠲᠤᠷᠰᠢᠯᠭ ᠠ᠂ ᠮᠡᠳᠡᠯᢉᠡ ᠪᠡᠨ ᠬᠠᠷᠢᠯᠴᠠᠨ ᠰᠣᠯᠢᠯᠴᠠᠬᠤ᠂ ᠪᠡᠶ ᠡ ᠪᠡᠶ ᠡ ᠡᠴᠡ ᠪᠡᠨ ᠰᠤᠷᠤᠯᠴᠠᠬᠤ᠂ ᠢᠯᠡᠳᢈᠡᢈᠦ ᠤᠷ ᠠ ᠴᠢᠳᠠᠪᠤᠷᠢ ᠪᠠᠨ ᠰᠠᠶᠢᠵᠢᠷᠠᠭᠤᠯᠬᠤ᠂ ᠰᠢᠨᠵᠢᠯᠡᢈᠦ ᠤᠬᠠᠭᠠᠨ ᠤ᠋ ᠥᢉᠦᠯᠡᠯ ᠪᠢᠴᠢᢈᠦ ᠵᠡᠷᢉᠡ ᠲᠠᠭᠠᠲᠠᠢ ᠪᠣᠯᠤᠮᠵᠢ ᠶ᠋ᠢ ᠪᠤᠢ ᠪᠣᠯᠭᠠᠳᠠᠭ᠃ ᠡᠷᠳᠡᠮ ᠰᠢᠨᠵᠢᠯᠡᢉᠡᠨ ᠦ᠋ ᠬᠤᠷᠠᠯ ᠠ᠋ᠴᠠ ᠰᠢᠯᠭᠠᠷᠠᠭᠰᠠᠨ ᠰᠢᠯᠢᠳᠡᢉ ᠣᠷᠤᠯᠴᠠᠭᠴᠢᠳ ᠤ᠋ᠨ ᠥᢉᠦᠯᠡᠯ ᠦ᠋ᠳ ᠨᠢ ᠪᠠᠶᠢᠭᠠᠯᠢ ᠶ᠋ᠢᠨ ᠥᠪ ᠰᠤᠳᠤᠯᠤᠯ ᠡᠷᠳᠡᠮ ᠰᠢᠨᠵᠢᠯᠡᢉᠡᠨ ᠦ᠋ ᠪᠦᠲᠦᢉᠡᠯ ᠳ᠋ᠦ ᢈᠡᠪᠯᠡᢉᠳᠡᠳᠡᢉ᠃

ᠪᠦᠷᠢᠳᢈᠡᠯ ᠡᢉᠦᠰᢈᠡᢈᠦ

ᠬᠠᠶ᠋ᠢᠭ: baigaliinuv.nhm@gmail.com

 

“ᠪᠠᠶᠢᠭᠠᠯᠢ ᠶ᠋ᠢᠨ ᠥᠪ ᠰᠤᠳᠤᠯᠤᠯ” ᠡᠷᠳᠡᠮ ᠰᠢᠨᠵᠢᠯᠡᢉᠡᠨ ᠦ᠋ ᠬᠤᠷᠠᠯ

“ᠪᠠᠶᠢᠭᠠᠯᠢ ᠶ᠋ᠢᠨ ᠥᠪ ᠰᠤᠳᠤᠯᠤᠯ” ᠡᠷᠳᠡᠮ ᠰᠢᠨᠵᠢᠯᠡᢉᠡᠨ ᠦ᠋ ᠬᠤᠷᠠᠯ ᠢ᠋ ᠵᠢᠯ ᠪᠦᠷᠢ ᠶ᠋ᠢᠨ ᠙-᠑᠐ ᠳ᠋ᠤᠭᠠᠷ ᠰᠠᠷ ᠠ ᠳ᠋ᠤ ᠶᠡᢈᠡ᠂ ᠳᠡᢉᠡᠳᠦ ᠰᠤᠷᠭᠠᠭᠤᠯᠢ᠂ ᠰᠢᠨᠵᠢᠯᠡᢈᠦ ᠤᠬᠠᠭᠠᠨ ᠤ᠋ ᠪᠠᠶᠢᠭᠤᠯᠤᠯᠭ ᠠ᠂ ᠪᠠᠶᠢᠭᠠᠯᠢ ᠣᠷᠴᠢᠨ ᠤ᠋ ᠲᠥᠷᠦ ᠶ᠋ᠢᠨ ᠪᠤᠰᠤ ᠪᠠᠶᠢᠭᠤᠯᠤᠯᠭ ᠠ ᠶ᠋ᠢᠨ ᠰᠤᠳᠤᠯᠤᠭᠠᠴᠢᠳ ᠢ᠋ ᠬᠠᠮᠤᠷᠤᠭᠤᠯᠤᠨ ᠵᠣᢈᠢᠶᠠᠨ ᠪᠠᠶᠢᠭᠤᠯᠳᠠᠭ᠃ ᠡᠨᠡ ᢈᠦ ᠬᠤᠷᠠᠯ ᠨᠢ ᠰᠤᠳᠤᠯᠤᠭᠠᠴᠢᠳ ᠤ᠋ᠨ ᠰᠤᠳᠤᠯᠭᠠᠨ ᠤ᠋ ᠠᠵᠢᠯ ᠤ᠋ᠨ ᠰᠢᠨᠡᠯᠢᢉ ᠠᠷᠭ ᠠ ᠵᠦᠢ᠂ ᠰᠢᠨ ᠡ ᠦᠷ ᠡ ᠳ᠋ᠦᠩ ᠢ᠋ ᢈᠡᠯᠡᠯᠴᠡᠵᠦ᠂ ᠣᠯᠠᠨ ᠨᠡᠶᠢᠲᠡ ᠳ᠋ᠦ ᠲᠦᢉᠡᢉᠡᢈᠦ᠂ ᠲᠤᠷᠰᠢᠯᠭ ᠠ᠂ ᠮᠡᠳᠡᢉᠡᠯᠡᠯ ᠰᠣᠯᠢᠯᠴᠠᠬᠤ᠂ ᠰᠤᠷᠤᠯᠴᠠᠬᠤ ᠵᠣᠷᠢᠯᠭ ᠠ ᠲᠠᠢ᠃ ᠬᠤᠷᠠᠯ ᠳ᠋ᠤ ᠣᠷᠤᠯᠴᠠᠭᠴᠢᠳ ᠤ᠋ᠨ ᠢᠯᠡᠳᢈᠡᠯ ᠦ᠋ᠨ ᠰᠡᠳᠦᠪ ᠢ᠋ᠶᠡᠷ ᠪᠢᠴᠢᢉᠳᠡᢉᠰᠡᠨ ᠥᢉᠦᠯᠡᠯ ᠦ᠋ᠳ ᠨᠢ ᠪᠠᠶᠢᠭᠠᠯᠢ ᠶ᠋ᠢᠨ ᠥᠪ ᠰᠤᠳᠤᠯᠤᠯ ᠡᠷᠳᠡᠮ ᠰᠢᠨᠵᠢᠯᠡᢉᠡᠨ ᠦ᠋ ᠪᠦᠲᠦᢉᠡᠯ ᠳ᠋ᠦ ᢈᠡᠪᠯᠡᢉᠳᠡᠳᠡᢉ᠃


ᠪᠦᠷᠢᠳᢈᠡᠯ ᠡᢉᠦᠰᢈᠡᢈᠦ

ᠬᠠᠶ᠋ᠢᠭ : baigaliinuv.nhm@gmail.com

ᠪᠠᠶᠢᠭᠠᠯᠢ ᠶ᠋ᠢᠨ ᠲᠡᠦᢈᠡ ᠶ᠋ᠢᠨ ᠮᠦᠽᠧᠢ ᠒᠐᠒᠕ ᠣᠨ