ᠪᠠᠶᠢᠭᠠᠯᠢ ᠶ᠋ᠢᠨ ᠲᠡᠦᢈᠡ ᠶ᠋ᠢᠨ ᠮᠦᠽᠧᠢ

ᠯᠣᠷᠳ ᠴᠡᠯᠲᠤᠷᠠᠯ ᠷᠧᠰᠣᠷᠰᠧᠰ ᠻᠣᠮᠫᠠᠨᠢ ᠲᠠᠢ ᠬᠠᠮᠲᠤᠷᠠᠨ ᠠᠵᠢᠯᠯᠠᠬᠤ ᢉᠡᠷ᠎ᠡ ᠪᠠᠶᠢᠭᠤᠯᠤᠨ ᠠᠵᠢᠯᠯᠠᠵᠤ ᠪᠠᠶᠢᠨ᠎ᠠ᠃

᠒᠐᠒᠕ᠤᠨ ᠑᠐ᠰᠠᠷ᠎ᠠ ᠶᠢᠨ ᠖

ᠮᠣᠩᠭᠤᠯ ᠤᠯᠤᠰ ᠤ᠋ᠨ ᠮᠦᠽᠧᠢ ᠶ᠋ᠢᠨ ᠲᠡᠦᢈᠡᠨ ᠳ᠋ᠦ ᠬᠠᠮᠤᠭ ᠤ᠋ᠨ ᠲᠣᠮᠤᠬᠠᠨ ᠪᠦᠲᠦᢉᠡᠨ ᠪᠠᠶᠢᠭᠤᠯᠤᠯᠲᠠ ᠳ᠋ᠤ ᠲᠣᠭᠠᠴᠠᠭᠳᠠᠬᠤ “ᠪᠠᠶᠢᠭᠠᠯᠢ ᠶ᠋ᠢᠨ ᠰᠢᠨᠵᠢᠯᠡᢈᠦ ᠤᠬᠠᠭᠠᠨ ᠤ᠋ ᠦᠨᠳᠦᠰᠦᠨ ᠦ᠋ ᠮᠦᠽᠧᠢ” ᠪᠣᠭᠳᠠᠬᠠᠨ ᠠᠭᠤᠯᠠᠨ ᠤ᠋ ᠳᠠᠷᠬᠠᠨ ᠴᠠᠭᠠᠵᠠᠲᠤ ᠭᠠᠵᠠᠷ ᠤ᠋ᠨ “ᠶᠡᢈᠡ ᠲᠩᠷᠢ ᠶ᠋ᠢᠨ ᠠᠮᠠ”- ᠳ᠋ᠤ ᠪᠠᠷᠢᠭᠳᠠᠵᠤ ᠪᠠᠶᠢᠭ᠎ᠠ ᠪᠠ ᠥᠨᠦᠳᠦᠷ ᠦ᠋ᠨ ᠪᠠᠶᠢᠳᠠᠯ ᠢ᠋ᠶᠠᠷ ᠪᠦᠲᠦᢉᠡᠨ ᠪᠠᠶᠢᠭᠤᠯᠤᠯᠲᠠ ᠶ᠋ᠢᠨ ᠠᠵᠢᠯ ᠖᠕ ᠬᠤᠪᠢ ᠶ᠋ᠢᠨ ᢉᠦᠢᠴᠡᠳᢈᠡᠯ ᠲᠡᠢ ᠦᠷᢉᠦᠯᠵᠢᠯᠡᠵᠦ ᠪᠠᠶᠢᠨ᠎ᠠ᠃ ᠰᠣᠶᠤᠯ᠂ ᠰᠫᠤᠷᠲ᠂ ᠠᠶᠠᠯᠠᠯ ᠵᠢᠭᠤᠯᠴᠢᠯᠠᠯ᠂ ᠵᠠᠯᠠᠭᠤᠴᠤᠤᠯ ᠤ᠋ᠨ ᠶᠠᠮᠤ ᠒᠐᠒᠕ ᠣᠨ ᠤ᠋ ᠕ ᠳ᠋ᠤᠭᠠᠷ ᠰᠠᠷ᠎ᠠ ᠶ᠋ᠢᠨ ᠒᠘-ᠨ ᠤ᠋ ᠡᠳᠦᠷ ᠣᠯᠠᠨ ᠤᠯᠤᠰ ᠤ᠋ᠨ ᠵᠥᠪᠯᠡᢈᠦ ᠦᠶᠢᠯᠡᠴᠢᠯᠡᢉᠡᠨ ᠦ᠋ ᠨᠡᠷ᠎ᠡ ᢈᠦᠨᠳᠦ ᠲᠡᠢ “Lord Cultural Resources” ᠻᠣᠮᠫᠠᠨᠢ ᠲᠠᠢ ᠬᠠᠮᠲᠤᠷᠠᠨ ᠠᠵᠢᠯᠯᠠᠬᠤ ᢉᠡᠷ᠎ᠡ ᠪᠠᠶᠢᠭᠤᠯᠵᠤ ᠮᠦᠽᠧᠢ ᠶ᠋ᠢᠨ ᠦᠵᠡᢉᠦᠯᠦᠯᢉᠡ ᠳᠢᢉᠯᠡᠯᠲᠡ ᠶ᠋ᠢᠨ ᠲᠥᠯᠦᠪᠯᠡᢉᠡ ᠪᠣᠯᠪᠠᠰᠤᠷᠠᠭᠤᠯᠬᠤ ᠠᠵᠢᠯ ᠢ᠋ ᠡᢈᠢᠯᠡᢉᠦᠯᠦᢉᠰᠡᠨ᠃ ᠡᠨᠡ ᢈᠦ ᠬᠠᠮᠲᠤ ᠶ᠋ᠢᠨ ᠠᠵᠢᠯᠯᠠᠭᠠᠨ ᠤ᠋ ᢈᠦᠷᠢᠶᠡᠨ ᠳ᠋ᠦ ᠪᠠᠶᠢᠭᠠᠯᠢ ᠶ᠋ᠢᠨ ᠲᠡᠦᢈᠡ ᠶ᠋ᠢᠨ ᠮᠦᠽᠧᠢ᠂ Lord Cultural Resources᠂ᠹ᠂ “ᠰᠣᠳᠤᠨ ᠨᠣᠮᠢᠨ ᠻᠣᠨᠰᠲ᠋ᠷᠠᠻᠱᠢᠨ” ᠻᠣᠮᠫᠠᠨᠢ᠂ ᠪᠠᠶᠢᠭᠠᠯᠢ ᠶ᠋ᠢᠨ ᠲᠡᠦᢈᠡ ᠶ᠋ᠢᠨ ᠮᠦᠽᠧᠢ ᠶ᠋ᠢᠨ ᠠᠰᠢᠭᠯᠠᠯᠲᠠ ᠶ᠋ᠢᠨ ᠡᠮᠦᠨᠡᢈᠢ ᠵᠠᢈᠢᠷᠭ᠎ᠠ ᠬᠠᠮᠲᠤᠷᠠᠨ ᠙ ᠳ᠋ᠦ᠋ᢉᠡᠷ ᠰᠠᠷ᠎ᠠ ᠶ᠋ᠢᠨ ᠑᠕–᠑᠘-ᠨ ᠤ᠋ ᠡᠳᠦᠷ ᠦ᠋ᠳ ᠲᠦ ᠠᠭᠤᠯᠵᠠᠯᠲᠠ᠂ ᠰᠤᠷᠭᠠᠯᠲᠠ᠂ ᢈᠡᠯᠡᠯᠴᠡᢉᠦᠯᢉᠡ ᠵᠣᢈᠢᠶᠠᠨ ᠪᠠᠶᠢᠭᠤᠯᠤᠯ᠎ᠠ᠃ ᠠᠭᠤᠯᠵᠠᠯᠲᠠ᠂ ᠰᠤᠷᠭᠠᠯᠲᠠ ᠶ᠋ᠢᠨ ᠦᠶ᠎ᠡ ᠪᠡᠷ ᠮᠦᠽᠧᠢ ᠶ᠋ᠢᠨ ᢈᠥᢉᠵᠢᠯ ᠦ᠋ᠨ ᠰᠲ᠋ᠷᠠᠲ᠋ᠧᢉᠢ ᠶ᠋ᠢᠨ ᠴᠢᢉᠯᠡᠯ᠂ ᠲᠡᠷᠢᢉᠦᠯᠡᢈᠦ ᠵᠣᠷᠢᠯᠲᠠ᠂ ᠡᠷᢈᠢᠮ ᠵᠣᠷᠢᠯᠭ᠎ᠠ ᠶ᠋ᠢ ᠥᠷᢉᠡᠨ ᢈᠦᠷᠢᠶᠡᠨ ᠳ᠋ᠦ ᠲᠣᠳᠤᠷᠬᠠᠶᠢᠯᠠᠵᠤ᠂ ᠦᠵᠡᢉᠦᠯᠦᠯᢉᠡ ᠳᠢᢉᠯᠡᠯ ᠦ᠋ᠨ ᠲᠥᠯᠦᠪᠯᠡᢉᠡᠨ ᠦ᠋ ᠳᠠᠭᠠᠭᠤ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤ᠋ᠨ ᠶᠠᠮᠤᠨ ᠳ᠋ᠤ ᠡᢈᠢᠨ ᠦ᠋ ᠱᠠᠲᠤᠨ ᠤ᠋ ᠲᠠᠶᠢᠯᠤᠨ ᠢ᠋ ᢈᠦᠯᠢᠶᠡᠯᢉᠡᠨ ᠥᢉᢉᠦᢉᠡᠳ ᠪᠠᠶᠢᠨ᠎ᠠ᠃ ᠮᠣᠩᠭᠣᠯ ᠤᠯᠤᠰ ᠲᠤ ᠪᠣᠯᠤᠭᠰᠠᠨ ᠬᠣᠶᠠᠷ ᠳ᠋ᠠᢈᠢ ᠤᠳᠠᠭ᠎ᠠ ᠶ᠋ᠢᠨ ᠠᠭᠤᠯᠵᠠᠯᠲᠠ᠂ ᠰᠤᠷᠭᠠᠯᠲᠠ ᠳ᠋ᠤ Lord Cultural Resources ᠻᠣᠮᠫᠠᠨᠢ ᠶ᠋ᠢᠨ ᠳᠡᠳ᠋ ᠶᠡᠷᠦᠩᢈᠡᠶᠢᠯᠡᢉᠴᠢ ᠷᠣᠪᠧᠷ ᠲᠤ ᠯᠠᠮᠠᠷᠷ᠎ᠠ᠂ ᠻᠣᠨ᠋ᠲ᠋ᠧᠨ᠋ᠲ ᢈᠥᢉᠵᠢᢉᠦᠯᠦᢉᠴᠢ ᠢᠸᠣᠨ᠋ ᠲᠠᠩ ᠢ᠋᠂ ᠮᠣᠩᠭᠣᠯ ᠲᠠᠯ᠎ᠠ ᠶ᠋ᠢᠨ ᠵᠥᠪᠯᠡᢈᠦ ᠪ‍᠂ᠨᠣᠮᠢᠨᠲᠤᠶᠠᠭ᠎ᠠ ᠨᠠᠷ ᠣᠷᠤᠯᠴᠠᠪᠠ᠃ ᠲᠠᠯ᠎ᠠ ᠨᠤᠭᠤᠳ ᠮᠦᠽᠧᠢ ᠶ᠋ᠢᠨ ᠦᠵᠡᢉᠦᠯᠦᠯᢉᠡ ᠳᠢᢉᠯᠡᠯᠲᠡ ᠲᠡᠢ ᠬᠣᠯᠪᠤᠭᠠᠲᠠᠢ ᠲᠥᠯᠦᠪᠯᠡᢉᠡᠲᠦ ᠠᠵᠢᠯ ᠤ᠋ᠳ ᠢ᠋ᠶᠠᠨ ᠬᠠᠷᠢᠯᠴᠠᠨ ᠶᠠᠷᠢᠯᠴᠠᠵᠤ᠂ ᠲᠣᢈᠢᠷᠠᠯᠴᠠᠨ᠂ ᠦᠷ᠎ᠡ ᠳ᠋ᠦᠩᠲᠡᠢ ᠬᠠᠮᠲᠤ ᠶ᠋ᠢᠨ ᠠᠵᠢᠯᠯᠠᠭ᠎ᠠ ᠥᠷᠨᠢᢉᠦᠯᠦᢉᠰᠡᠨ ᠠᠭᠤᠯᠵᠠᠯᠲᠠ ᠪᠣᠯᠤᠯ᠎ᠠ᠃

ᠪᠠᠶᠢᠭᠠᠯᠢ ᠶ᠋ᠢᠨ ᠲᠡᠦᢈᠡ ᠶ᠋ᠢᠨ ᠮᠦᠽᠧᠢ ᠒᠐᠒᠕ ᠣᠨ