ᠪᠠᠶᠢᠭᠠᠯᠢ ᠶ᠋ᠢᠨ ᠲᠡᠦᢈᠡ ᠶ᠋ᠢᠨ ᠮᠦᠽᠧᠢ

ᠪᠠᠶᠢᠭᠠᠯᠢ ᠶ᠋ᠢᠨ ᠲᠡᠦᢈᠡ ᠶ᠋ᠢᠨ ᠮᠦᠽᠧᠢ ᠶ᠋ᠢᠨ ᠭᠠᠳᠠᠭᠠᠳᠤ ᠬᠠᠮᠲᠤ ᠶ᠋ᠢᠨ ᠠᠵᠢᠯᠯᠠᠭ ᠠ

᠒᠐᠒᠕ᠤᠨ ᠑᠒ᠰᠠᠷ᠎ᠠ ᠶᠢᠨ ᠑᠐

ᠪᠠᠶᠢᠭᠠᠯᠢ ᠶ᠋ᠢᠨ ᠲᠡᠦᢈᠡ ᠶ᠋ᠢᠨ ᠮᠦᠽᠧᠢ ᠨᠢ ᠭᠠᠳᠠᠭᠠᠳᠤ ᠬᠠᠮᠲᠤ ᠶ᠋ᠢᠨ ᠠᠵᠢᠯᠯᠠᠭ ᠠ ᠶ᠋ᠢ ᠥᠷᢉᠡᠵᠢᢉᠦᠯᠦᠨ ᠶᠠᠫᠣᠨ᠋ ᠤᠯᠤᠰ ᠤ᠋ᠨ ᠡᠵᠡᠨ ᠬᠠᠭᠠᠨ ᠤ᠋ ᠨᠡᠷᠡᠮᠵᠢᠲᠦ ᠳᠣᠯᠤᠭᠠᠨ ᠶᠡᢈᠡ ᠰᠤᠷᠭᠠᠭᠤᠯᠢ ᠶ᠋ᠢᠨ ᠨᠢᢉᠡ ᠨᠠᠭᠣᠶ ᠠ ᠶᠡᢈᠡ ᠰᠤᠷᠭᠠᠭᠤᠯᠢ ᠶ᠋ᠢᠨ ᠮᠦᠽᠧᠢ ᠲᠡᠢ ᠬᠠᠮᠲᠤᠷᠠᠨ ᠠᠵᠢᠯᠯᠠᠬᠤ ᠰᠠᠨᠠᠮᠵᠢ ᠪᠢᠴᠢᢉ ᠲᠦ ᠭᠠᠷ ᠤ᠋ᠨ ᠦᠰᠦᢉ ᠵᠢᠷᠤᠯ ᠠ᠃

ᠥᠨᠦᠳᠦᠷ ᠶᠠᠫᠣᠨ᠋ ᠤᠯᠤᠰ ᠤ᠋ᠨ ᠨᠠᠭᠣᠶ ᠠ ᠬᠣᠲᠠ ᠳ᠋ᠤ ᠲᠠᠯ ᠠ ᠨᠤᠭᠤᠳ ᠤ᠋ᠨ ᠠᠭᠤᠯᠵᠠᠯᠲᠠ᠂ ᠬᠠᠮᠲᠤ ᠶ᠋ᠢᠨ ᠠᠵᠢᠯᠯᠠᠭᠠᠨ ᠤ᠋ ᠰᠠᠨᠠᠮᠵᠢ ᠪᠢᠴᠢᢉ ᠲᠤ ᠭᠠᠷ ᠤ᠋ᠨ ᠦᠰᠦᢉ ᠵᠢᠷᠤᠭᠰᠠᠨ ᠨᠢ ᠪᠠᠶᠢᠭᠠᠯᠢ ᠶ᠋ᠢᠨ ᠲᠡᠦᢈᠡ ᠶ᠋ᠢᠨ ᠮᠦᠽᠧᠢ ᠶ᠋ᠢᠨ ᠲᠡᠦᢈᠡᠨ ᠳ᠋ᠦ ᠶᠠᠫᠣᠨ᠋ ᠤᠯᠤᠰ ᠤ᠋ᠨ ᠮᠦᠽᠧᠢ ᠲᠡᠢ ᠬᠠᠮᠲᠤᠷᠠᠨ ᠠᠵᠢᠯᠯᠠᠬᠤ ᠰᠠᠨᠠᠮᠵᠢ ᠪᠢᠴᠢᢉ ᠪᠠᠶᠢᠭᠤᠯᠤᠭᠰᠠᠨ ᠠᠩᠬᠠᠨ ᠤ᠋ ᠲᠣᢈᠢᠶᠠᠯᠳᠤᠯ ᠪᠣᠯᠵᠤ ᠪᠠᠶᠢᠨ ᠠ᠃

ᠡᠨᠡ ᢈᠦ ᠰᠠᠨᠠᠮᠵᠢ ᠪᠢᠴᠢᢉ ᠦ᠋ᠨ ᢈᠦᠷᠢᠶᠡᠨ ᠳ᠋ᠦ ᠰᠤᠳᠤᠯᠤᠭᠠᠴᠢ᠂ ᠮᠡᠷᢉᠡᠵᠢᠯᠲᠡᠨ ᠰᠣᠯᠢᠯᠴᠠᠬᠤ᠂ ᠡᠷᠳᠡᠮ ᠰᠢᠨᠵᠢᠯᠡᢉᠡᠨ ᠦ᠋ ᠰᠤᠳᠤᠯᠭᠠᠨ ᠤ᠋ ᠠᠵᠢᠯ ᠳ᠋ᠤ ᠬᠠᠮᠲᠤᠷᠠᠬᠤ᠂ ᠲᠤᠷᠰᠢᠯᠭ ᠠ ᠰᠣᠯᠢᠯᠴᠠᠬᠤ ᠵᠡᠷᢉᠡ ᠣᠯᠠᠨ ᠲᠠᠯᠠᠲᠤ ᠠᠵᠢᠯ ᠤ᠋ᠳ ᠢ᠋ ᢈᠢᢈᠦ ᠶᠤᠮ᠃ ᠒᠐᠒᠖ ᠣᠨ ᠠ᠋ᠴᠠ ᠳᠡᢉᠡᠷᠡᢈᠢ ᠠᠵᠢᠯ ᠤ᠋ᠳ ᠢ᠋ ᠡᢈᠢᠯᠡᢈᠦ ᠡᠴᠡ ᠭᠠᠳᠠᠨ ᠠ ᠶᠠᠫᠣᠨ᠋ ᠤᠯᠤᠰ ᠲᠤ ᠬᠠᠮᠲᠤᠷᠠᠭᠰᠠᠨ ᠦᠵᠡᠰᢈᠦᠯᠡᠩ ᠭᠠᠷᠭᠠᠬᠤ᠂ ᠪᠠᠶᠢᠭᠠᠯᠢ ᠶ᠋ᠢᠨ ᠰᠢᠨᠵᠢᠯᠡᢈᠦ ᠤᠬᠠᠭᠠᠨ ᠤ᠋ ᠴᠢᢉᠯᠡᠯ ᠦ᠋ᠨ ᠪᠣᠯᠪᠠᠰᠤᠷᠠᠯ ᠤ᠋ᠨ ᢈᠥᠲᠦᠯᠪᠦᠷᠢ ᠬᠠᠮᠲᠤᠷᠠᠨ ᢈᠡᠷᠡᢉᠵᠢᢉᠦᠯᢈᠦ ᠪᠡᠷ ᠪᠣᠯᠵᠤ ᠮᠦᠽᠧᠢ ᠶ᠋ᠢᠨ ᠰᠠᠯᠪᠤᠷᠢ ᠳ᠋ᠤ ᠨᠢᢉᠡᠨ ᠰᠢᠨ ᠡ ᠬᠠᠭᠤᠳᠠᠰᠤ ᠶ᠋ᠢ ᠨᠡᢉᠡᢉᠡᠵᠦ ᠪᠠᠶᠢᠨ ᠠ᠃ ᠮᠥᠨ ᠪᠠᠶᠢᠭᠠᠯᠢ ᠶ᠋ᠢᠨ ᠲᠡᠦᢈᠡ ᠶ᠋ᠢᠨ ᠮᠦᠽᠧᠢ ᠶ᠋ᠢᠨ ᠰᠢᠨ ᠡ ᠪᠦᠲᠦᢉᠡᠨ ᠪᠠᠶᠢᠭᠤᠯᠤᠯᠲᠠ ᠪᠣᠯᠬᠤ ᠪᠠᠶᠢᠭᠠᠯᠢ ᠶ᠋ᠢᠨ ᠰᠢᠨᠵᠢᠯᠡᢈᠦ ᠤᠬᠠᠭᠠᠨ ᠤ᠋ ᠦᠨᠳᠦᠰᠦᠨ ᠦ᠋ ᠮᠦᠽᠧᠢ ᠶ᠋ᠢᠨ ᠰᠢᠨᠵᠢᠯᠡᢈᠦ ᠤᠬᠠᠭᠠᠨ ᠤ᠋ ᠲᠠᠩᢈᠢᠮ ᠪᠠᠶᠢᠭᠤᠯᠤᠯᠬᠤ ᠳ᠋ᠤ ᠬᠠᠮᠲᠤᠷᠠᠨ ᠠᠵᠢᠯᠯᠠᠬᠤ ᠲᠠᠯᠠᠭᠠᠷ ᠰᠠᠨᠠᠯ ᠰᠣᠯᠢᠯᠴᠠᠭᠰᠠᠨ ᠦᠷ ᠡ ᠳ᠋ᠦᠩ ᠲᠡᠢ ᠠᠭᠤᠯᠵᠠᠯᠲᠠ ᠪᠣᠯᠵᠤ ᠪᠠᠶᠢᠨ ᠠ᠃

ᠳᠠᠰᠢᠷᠠᠮᠳᠠ ᠰᠣᠨᠢᠷᠬᠠᠭᠤᠯᠬᠤ ᠳ᠋ᠤ ᠨᠠᠭᠣᠶ ᠠ ᠶᠡᢈᠡ ᠰᠤᠷᠭᠠᠭᠤᠯᠢ ᠠ᠋ᠴᠠ ᠪᠠᠶᠢᠭᠠᠯᠢ ᠶ᠋ᠢᠨ ᠰᠢᠨᠵᠢᠯᠡᢈᠦ ᠤᠬᠠᠭᠠᠨ ᠤ᠋ ᠰᠠᠯᠪᠤᠷᠢ ᠶ᠋ᠢᠨ ᠨᠣᠪᠧᠯ ᠤ᠋ᠨ ᠱᠠᠩᠨᠠᠯᠲᠠᠨ ᠗ ᠲᠥᠷᠦᢉᠰᠡᠨ ᠪᠠᠶᠢᠳᠠᠭ᠃

ᠪᠠᠶᠢᠭᠠᠯᠢ ᠶ᠋ᠢᠨ ᠲᠡᠦᢈᠡ ᠶ᠋ᠢᠨ ᠮᠦᠽᠧᠢ ᠒᠐᠒᠕ ᠣᠨ