ᠪᠠᠶᠢᠭᠠᠯᠢ ᠶ᠋ᠢᠨ ᠲᠡᠦᢈᠡ ᠶ᠋ᠢᠨ ᠮᠦᠽᠧᠢ

ᠪᠠᠶᠢᠭᠠᠯᠢ ᠶᠢᠨ ᠲᠦᠬᠡᠢ ᠶᠢᠨ ᠮᠦᠽᠧᠶ – ᠭᠠᠳᠠᠭᠠᠳᠤ ᠬᠠᠮᠲᠤ ᠶᠢᠨ ᠠᠵᠢᠯᠯᠠᠭ᠎ᠠ

᠒᠐᠒᠕ᠤᠨ ᠑᠐ᠰᠠᠷ᠎ᠠ ᠶᠢᠨ ᠑᠙

ᠪᠠᠶᠢᠭᠠᠯᠢ ᠶ᠋ᠢᠨ ᠲᠡᠦᢈᠡ ᠶ᠋ᠢᠨ ᠮᠦᠽᠧᠢ ᠶ᠋ᠢᠨ ᠵᠠᢈᠢᠷᠤᠯ᠂ ᠰᠢᠨᠵᠢᠯᠡᢈᠦ ᠤᠬᠠᠭᠠᠨ ᠤ᠋ ᠳ᠋ᠣᠻᠲ᠋ᠣᠷ (Sc᠃ D) ᠨ‍᠂ᠮᠠᠨᠴᠤᠻᠠ ᠪᠣᠯᠤᠨ ᠬᠣᠯᠪᠤᠭᠳᠠᠬᠤ ᠮᠡᠷᢉᠡᠵᠢᠯᠲᠡᠨ ᠨᠦ᠋ᢉᠦᠳ᠂ ᢈᠡᠩᠭᠤ- ᠤ᠋ᠨ ᢉᠧᠷᠯᠢᠼ ᠬᠣᠲᠠ ᠶ᠋ᠢᠨ ᠽᠧᠨ᠋ᠻᠧᠨ᠋ᠪᠧᠷ ᠦ᠋ᠨ ᠪᠠᠶᠢᠭᠠᠯᠢ ᠶ᠋ᠢᠨ ᠲᠡᠦᢈᠡ ᠶ᠋ᠢᠨ ᠮᠦᠽᠧᠢ ᠶ᠋ᠢᠨ ᠵᠠᢈᠢᠷᠤᠯ᠂ ᠳᠷᠧᠽᠳᠧᠨ ᠦ᠋ ᠶᠡᢈᠡ ᠰᠤᠷᠭᠠᠭᠤᠯᠢ ᠶ᠋ᠢᠨ ᠫᠷᠤᠹᠧᠰᠰᠤᠷ᠂ ᠳ᠋ᠣᠻᠲ᠋ᠣᠷ (Ph᠃ D) ᠻᠠᠷᠰᠲ᠋ᠧᠨ ᠸᠧᠱᠧ; ᠤᠷᠭᠤᠮᠠᠯ ᠤ᠋ᠨ ᠲᠢᠩᢈᠢᠮ ᠦ᠋ᠨ ᠡᠷᢈᠢᠯᠡᢉᠴᠢ᠂ ᠫᠷᠤᠹᠧᠰᠰᠤᠷ᠂ ᠳ᠋ᠣᠻᠲ᠋ᠣᠷ (Ph᠃ D) ᠻᠷᠢᠰᠲ᠋ᠢᠶᠠᠨ᠎ᠠ ᠷᠢᠲ᠋ᠴ; ᠰᠤᠳᠤᠯᠤᠭᠠᠴᠢ᠂ ᠳ᠋ᠣᠻᠲ᠋ᠣᠷ (Ph᠃ D) ᠬ‍᠂ ᠣᠶᠤᠨᠳᠡᠯᢉᠡᠷ ᠲᠡᠷᠢᢉᠦᠲᠡᠢ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶ᠋ᠢᠨ ᠦᠶ᠎ᠡ ᠪᠡᠷ ᠲᠠᠯ᠎ᠠ ᠨᠤᠭᠤᠳ:
ᠰᠢᠨ᠎ᠡ ᠪᠦᠲᠦᢉᠡᠨ ᠪᠠᠶᠢᠭᠤᠯᠤᠯᠲᠠ ᠶ᠋ᠢ ᠲᠠᠨᠢᠯᠴᠠᠭᠤᠯᠤᠨ ᠪᠠᠶᠢᠭᠠᠯᠢ ᠶ᠋ᠢᠨ ᠰᠢᠨᠵᠢᠯᠡᢈᠦ ᠤᠬᠠᠭᠠᠨ ᠤ᠋ ᠦᠨᠳᠦᠰᠦᠨ ᠦ᠋ ᠮᠦᠽᠧᠢ ᠶ᠋ᠢᠨ ᠪᠠᠷᠢᠯᠭ᠎ᠠ ᠪᠠᠶᠢᠭᠤᠯᠤᠮᠵᠢ᠂ ᠦᠵᠡᢉᠦᠯᠦᠯᢉᠡ ᠳᠢᢉᠯᠡᠯᠲᠡ ᠶ᠋ᠢᠨ ᠣᠨᠴᠠᠯᠢᠭ ᠤ᠋ᠨ ᠲᠠᠯᠠᠭᠠᠷ ᠰᠠᠨᠠᠯ ᠰᠣᠯᠢᠯᠴᠠᠪᠠ᠃ ᠡᠷᠳᠡᠮ ᠰᠢᠨᠵᠢᠯᠡᢉᠡ᠂ ᠰᠤᠳᠤᠯᠭᠠᠨ ᠤ᠋ ᠣᠯᠠᠨ ᠲᠠᠯᠠᠲᠤ ᠠᠵᠢᠯ ᢈᠡᠷᠡᢉᠵᠢᢉᠦᠯᢈᠦ᠂ ᠦᠵᠡᠰᢈᠦᠯᠡᠩ ᠬᠠᠮᠲᠤᠷᠠᠨ ᠵᠣᢈᠢᠶᠠᠨ ᠪᠠᠶᠢᠭᠤᠯᠬᠤ ᠪᠣᠯᠤᠮᠵᠢ ᠶ᠋ᠢ ᢈᠡᠯᠡᠯᠴᠡᠨ᠂ ᠬᠠᠮᠲᠤ ᠶ᠋ᠢᠨ ᠠᠵᠢᠯᠯᠠᠭ᠎ᠠ ᠪᠠᠨ ᠥᠷᢉᠡᠵᠢᢉᠦᠯᠦᠨ ᠪᠠᠲᠤᠯᠠᠭᠠᠵᠢᠭᠤᠯᠬᠤ ᠰᠠᠨᠠᠮᠵᠢ ᠪᠢᠴᠢᢉ ᠪᠠᠶᠢᠭᠤᠯᠬᠤ ᠪᠠᠷ ᠲᠣᢈᠢᠷᠠᠯᠴᠠᠯ᠎ᠠ᠃ ᠡᠨᠡ ᢈᠦ ᠬᠠᠮᠲᠤ ᠶ᠋ᠢᠨ ᠠᠵᠢᠯᠯᠠᠭ᠎ᠠ ᠨᠢ ᠬᠣᠶᠠᠷ ᠮᠦᠽᠧᠢ ᠶ᠋ᠢᠨ ᠡᠷᠳᠡᠮ ᠰᠢᠨᠵᠢᠯᠡᢉᠡ᠂ ᠰᠤᠳᠤᠯᠭ᠎ᠠ᠂ ᠦᠵᠡᢉᠦᠯᠦᠯᢉᠡ ᠶ᠋ᠢᠨ ᠠᠷᠭ᠎ᠠ ᠵᠦᠢ᠂ ᠣᠯᠠᠨ ᠤᠯᠤᠰ ᠤ᠋ᠨ ᠲᠤᠷᠰᠢᠯᠭ᠎ᠠ ᠰᠣᠯᠢᠯᠴᠠᠭᠠᠨ ᠳ᠋ᠤ ᠴᠢᠬᠤᠯᠠ ᠠᠴᠢ ᠬᠣᠯᠪᠤᠭᠳᠠᠯ ᠲᠠᠢ ᠶᠤᠮ᠃

ᠪᠠᠶᠢᠭᠠᠯᠢ ᠶ᠋ᠢᠨ ᠲᠡᠦᢈᠡ ᠶ᠋ᠢᠨ ᠮᠦᠽᠧᠢ ᠒᠐᠒᠕ ᠣᠨ