ᠪᠠᠶᠢᠭᠠᠯᠢ ᠶ᠋ᠢᠨ ᠲᠡᠦᢈᠡ ᠶ᠋ᠢᠨ ᠮᠦᠽᠧᠢ

ᠴᠢᠩᠭᠢᠰ ᠬᠠᠭᠠᠨ ᠦᠨᠳᠦᠰᠦᠨ ᠦ ᠮᠦᠽᠧᠢ ᠳᠦ ᠲᠤᠷᠰᠢᠯᠭ ᠠ ᠰᠤᠳᠤᠯᠬᠤ ᠠᠭᠤᠯᠵᠠᠯᠲᠠ ᠵᠣᠬᠢᠶᠠᠨ ᠪᠠᠢᠭᠤᠯᠤᠭᠳᠠᠪᠠ᠃

᠒᠐᠒᠕ᠤᠨ ᠑᠑ᠰᠠᠷ᠎ᠠ ᠶᠢᠨ ᠒᠔

ᠪᠠᠢᠭᠠᠯ ᠤᠨ ᠰᠢᠨᠵᠢᠯᠡᠬᠦ ᠤᠬᠠᠭᠠᠨ ᠤ ᠦᠨᠳᠦᠰᠦᠨ ᠦ ᠮᠦᠽᠧᠢ ᠶᠢᠨ ᠪᠦᠲᠦᠭᠡᠨ ᠪᠠᠢᠭᠤᠯᠤᠯᠲᠠ ᠶᠢᠨ ᠬᠦᠷᠢᠶᠡᠨ ᠳᠦ ᠲᠤᠷᠰᠢᠯᠭ ᠠ ᠰᠤᠳᠤᠯᠬᠤ ᠠᠭᠤᠯᠵᠠᠯᠲᠠ 2025 ᠣᠨ ᠤ 10 ᠳ᠋ᠤᠭᠠᠷ ᠰᠠᠷ ᠠ ᠶᠢᠨ 9 ᠦ ᠡᠳᠦᠷ ᠴᠢᠩᠭᠢᠰ ᠬᠠᠭᠠᠨ ᠦᠨᠳᠦᠰᠦᠨ ᠦ ᠮᠦᠽᠧᠢ ᠳᠦ ᠠᠮᠵᠢᠯᠲᠠᠲᠠᠢ ᠵᠣᠬᠢᠶᠠᠨ ᠪᠠᠢᠭᠤᠯᠤᠭᠳᠠᠯ ᠠ᠃
ᠠᠭᠤᠯᠵᠠᠯᠲᠠ ᠪᠠᠷ ᠴᠢᠩᠭᠢᠰ ᠬᠠᠭᠠᠨ ᠦᠨᠳᠦᠰᠦᠨ ᠦ ᠮᠦᠽᠧᠢ ᠶᠢᠨ ᠵᠠᠬᠢᠷᠤᠯ᠂ ᠠᠺᠠᠳᠧᠮᠢᠴᠢ ᠰ ∙ ᠴᠢᠯᠠᠭᠤᠨ ᠬᠣᠯᠪᠣᠭᠳᠠᠬᠤ ᠮᠡᠷᠭᠡᠵᠢᠯᠲᠡᠨ ᠨᠦᠭᠦᠳ ᠦᠨ ᠬᠠᠮᠲᠤ ᠪᠠᠢᠭᠠᠯ ᠤᠨ ᠲᠡᠦᠬᠡ ᠶᠢᠨ ᠮᠦᠽᠧᠢ ᠶᠢᠨ ᠵᠠᠬᠢᠷᠤᠯ᠂ ᠰᠢᠨᠵᠢᠯᠡᠬᠦ ᠤᠬᠠᠭᠠᠨ ᠤ ᠳ᠋ᠣᠺᠲ᠋ᠣᠷ ᠨ ∙ ᠮᠠᠴᠤᠤᠶᠢ ᠪᠣᠯᠤᠨ ᠦᠵᠡᠭᠦᠯᠦᠯᠭᠡ ᠳᠢᠭᠯᠡᠯᠲᠡ ᠶᠢᠨ ᠳᠡᠳ᠋ ᠠᠵᠢᠯ ᠤᠨ ᠬᠡᠰᠡᠭ ᠦᠨ ᠭᠡᠰᠢᠭᠦᠳ ᠢ ᠬᠠᠯᠠᠭᠤᠨ ᠳᠣᠲᠣᠨᠣ ᠪᠠᠷ ᠬᠦᠯᠢᠶᠡᠨ ᠠᠪᠴᠤ ᠠᠭᠤᠯᠵᠠᠭᠰᠠᠨ ᠶᠤᠮ᠃ ᠠᠺᠠᠳᠧᠮᠢᠴᠢ ᠰ ∙ ᠴᠢᠯᠠᠭᠤᠨ ЧХҮМ ᠦᠨ ᠪᠠᠢᠭᠤᠯᠤᠯᠭ ᠠ ᠶᠢᠨ ᠲᠡᠦᠬᠡ᠂ ᠪᠦᠲᠦᠭᠡᠨ ᠪᠠᠢᠭᠤᠯᠤᠯᠲᠠ ᠶᠢᠨ ᠦᠶ ᠡ ᠱᠠᠲᠤ᠂ ᠲᠤᠯᠭᠠᠷᠠᠭᠰᠠᠨ ᠪᠡᠷᠬᠡᠰᠢᠶᠡᠯ᠂ ᠲᠡᠭᠦᠨ ᠢ ᠳᠠᠪᠠᠨ ᠲᠤᠭᠤᠯᠬᠤ ᠠᠷᠭ ᠠ ᠵᠠᠮ᠂ ᠴᠢᠨᠠᠭᠰᠢᠳᠠ ᠶᠢᠨ ᠬᠥᠭᠵᠢᠯ ᠦᠨ ᠴᠢᠭ ᠬᠠᠨᠳᠤᠯᠭ ᠠ ᠶᠢᠨ ᠲᠠᠯ ᠠ ᠪᠠᠷ ᠳᠡᠯᠭᠡᠷᠡᠩᠭᠦᠢ ᠲᠠᠨᠢᠯᠴᠠᠭᠤᠯᠭ ᠠ ᠬᠢᠵᠦ᠂ ᠲᠤᠷᠰᠢᠯᠭ ᠠ ᠪᠠᠨ ᠬᠤᠪᠢᠶᠠᠯᠴᠠᠪᠠ᠃
ᠮᠥᠨ ᠲᠤᠰ ᠮᠦᠽᠧᠢ ᠶᠢᠨ ᠣᠯᠠᠨ ᠨᠡᠢᠲᠡ ᠶᠢᠨ ᠲᠥᠪ ᠦᠨ ᠡᠷᠬᠢᠯᠡᠭᠴᠢ ᠪ ∙ ᠠᠳ᠋ᠢᠶᠠᠬᠦᠦ 《ᠮᠦᠽᠧᠢ ᠶᠢᠨ ᠠᠶᠤᠯ ᠦᠭᠡᠢ ᠪᠠᠢᠳᠠᠯ ᠤᠨ ᠲᠣᠭᠲᠠᠯᠴᠠᠭ ᠠ ᠪᠠ ᠡᠷᠦᠰᠳᠡᠯ ᠦᠨ ᠤᠳᠤᠷᠢᠳᠤᠯᠭ ᠠ《 ᠤᠨ ᠲᠠᠯ ᠠ ᠪᠠᠷ ᠵᠥᠪᠯᠡᠭᠡ ᠥᠭᠴᠦ ᠴᠤᠭᠯᠠᠭᠤᠯᠭ ᠠ ᠶᠢᠨ ᠬᠠᠳᠠᠭᠠᠯᠠᠯᠲᠠ᠂ ᠬᠠᠮᠠᠭᠠᠯᠠᠯᠲᠠ᠂ ᠪᠠᠷᠢᠯᠭ ᠠ᠂ ᠪᠠᠢᠭᠤᠯᠤᠮᠵᠢ ᠶᠢᠨ ᠠᠶᠤᠯ ᠦᠭᠡᠢ ᠪᠠᠢᠳᠠᠯ᠂ ᠣᠨᠴᠠᠭᠠᠢ ᠨᠥᠬᠥᠴᠡᠯ ᠳᠦ ᠠᠪᠬᠤ ᠠᠷᠭ ᠠ ᠬᠡᠮᠵᠢᠶᠡᠨ ᠦ ᠲᠠᠯ ᠠ ᠪᠠᠷ ᠲᠠᠨᠢᠯᠴᠠᠭᠤᠯᠭ ᠠ ᠬᠢᠪᠡ᠃ ᠡᠭᠦᠨ ᠦ ᠳᠠᠷᠠᠭ ᠠ ᠪᠠᠷ ᠣᠷᠣᠯᠴᠠᠭᠴᠢᠳ ᠮᠦᠽᠧᠢ ᠶᠢᠨ ᠠᠶᠤᠯ ᠦᠭᠡᠢ ᠪᠠᠢᠳᠠᠯ ᠢ ᠬᠠᠩᠭᠠᠬᠤ ᠮᠧᠨᠧᠵᠮᠧᠨᠲ᠂ ᠡᠷᠦᠰᠳᠡᠯ ᠦᠨ ᠦᠨᠡᠯᠡᠭᠡᠨ ᠦ ᠠᠷᠭᠠᠴᠢᠯᠠᠯ ᠤᠨ ᠲᠠᠯ ᠠ ᠪᠠᠷ ᠰᠠᠨᠠᠯ ᠰᠣᠯᠢᠯᠴᠠᠵᠤ᠂ ᠴᠢᠯᠦᠭᠡᠲᠦ ᠬᠡᠯᠡᠯᠴᠡᠭᠦᠯᠭᠡ ᠥᠷᠨᠢᠭᠦᠯᠦᠯ ᠡ᠃
ᠠᠭᠤᠯᠵᠠᠯᠲᠠ ᠶᠢᠨ ᠦᠶ ᠡ ᠪᠡᠷ ᠴᠢᠩᠭᠢᠰ ᠬᠠᠭᠠᠨ ᠦᠨᠳᠦᠰᠦᠨ ᠦ ᠮᠦᠽᠧᠢ ᠶᠢᠨ ᠰᠠᠩ ᠬᠥᠮᠦᠷᠢᠭᠡ᠂ ᠰᠡᠷᠭᠦᠭᠡᠨ ᠵᠠᠰᠠᠪᠤᠷᠢᠯᠠᠬᠤ ᠪᠣᠯᠤᠨ ᠰᠤᠳᠤᠯᠭᠠᠨ ᠤ ᠯᠠᠪᠤᠷᠠᠲ᠋ᠣᠷᠢ ᠵᠡᠷᠭᠡ ᠳᠣᠲᠣᠭᠠᠳᠤ ᠪᠦᠲᠦᠴᠡ ᠶᠢᠨ ᠵᠣᠬᠢᠶᠠᠨ ᠪᠠᠢᠭᠤᠯᠤᠯᠲᠠ ᠲᠠᠢ ᠭᠠᠵᠠᠷ ᠳᠡᠭᠡᠷ ᠡ ᠨᠢ ᠲᠠᠨᠢᠯᠴᠠᠪᠠ᠃
ᠪᠠᠢᠭᠠᠯ ᠤᠨ ᠰᠢᠨᠵᠢᠯᠡᠬᠦ ᠤᠬᠠᠭᠠᠨ ᠤ ᠦᠨᠳᠦᠰᠦᠨ ᠦ ᠮᠦᠽᠧᠢ ᠶᠢᠨ ᠲᠥᠰᠥᠯ ᠦᠨ ᠬᠦᠷᠢᠶᠡᠨ ᠳᠦ ᠬᠢᠭᠳᠡᠵᠦ ᠪᠤᠢ ᠠᠵᠢᠯ ᠤᠨ ᠶᠠᠪᠤᠴᠠ᠂ ᠦᠵᠡᠭᠦᠯᠡᠯᠭᠡ ᠶᠢᠨ ᠲᠥᠯᠥᠪᠯᠡᠯᠲᠡ᠂ ᠲᠧᠭᠨᠣᠯᠣᠭᠢ ᠶᠢᠨ ᠰᠢᠢᠳᠦᠯ᠂ ᠦᠵᠡᠭᠴᠢ ᠶᠢᠨ ᠣᠷᠣᠯᠴᠠᠭ ᠠ ᠶᠢ ᠨᠡᠮᠡᠭᠳᠡᠭᠦᠯᠬᠦ ᠠᠷᠭ ᠠ ᠵᠠᠮ ᠤᠨ ᠲᠠᠯ ᠠ ᠪᠠᠷ ᠲᠠᠨᠢᠯᠴᠠᠭᠤᠯᠭ ᠠ ᠬᠢᠵᠦ᠂ ᠬᠠᠷᠢᠯᠴᠠᠨ ᠰᠠᠨᠠᠯ ᠰᠣᠯᠢᠯᠴᠠᠵᠤ᠂ ᠪᠠᠢᠭᠠᠯ ᠤᠨ ᠰᠢᠨᠵᠢᠯᠡᠬᠦ ᠤᠬᠠᠭᠠᠨ ᠤ ᠦᠨᠳᠦᠰᠦᠨ ᠦ ᠮᠦᠽᠧᠢ ᠶᠢᠨ ᠦᠵᠡᠭᠦᠯᠦᠯᠭᠡ ᠳᠢᠭᠯᠡᠯᠲᠡ ᠶᠢᠨ ᠺᠣᠨᠼᠧᠫᠦᠴᠡ ᠶᠢᠨ ᠲᠥᠯᠥᠪᠯᠡᠯᠲᠡ᠂ ᠪᠦᠲᠦᠴᠡ ᠵᠣᠬᠢᠶᠠᠨ ᠪᠠᠢᠭᠤᠯᠤᠯᠲᠠ᠂ ᠴᠤᠭᠯᠠᠭᠤᠯᠭ ᠠ ᠶᠢᠨ ᠬᠠᠳᠠᠭᠠᠯᠠᠯᠲᠠ ᠬᠠᠮᠠᠭᠠᠯᠠᠯᠲᠠ ᠶᠢᠨ ᠣᠷᠴᠢᠨ᠂ ᠮᠦᠽᠧᠢ ᠶᠢᠨ ᠮᠧᠨᠧᠵᠮᠧᠨᠲ ᠪᠣᠯᠤᠨ ᠬᠦᠮᠦᠨ ᠦ ᠨᠥᠭᠡᠴᠡ ᠶᠢᠨ ᠪᠦᠷᠢᠳᠦᠭᠦᠯᠬᠦ ᠪᠡᠯᠡᠳᠬᠡᠯ ᠠᠵᠢᠯ ᠳᠤ ᠴᠢᠩᠭᠢᠰ ᠬᠠᠭᠠᠨ ᠦᠨᠳᠦᠰᠦᠨ ᠦ ᠮᠦᠽᠧᠢ ᠶᠢᠨ ᠲᠤᠷᠰᠢᠯᠭ ᠠ ᠶᠢ ᠨᠡᠪᠲᠡᠷᠡᠭᠦᠯᠬᠦ ᠳᠦ ᠴᠢᠬᠤᠯᠠ ᠠᠴᠢ ᠬᠣᠯᠪᠣᠭᠳᠠᠯ ᠲᠠᠢ ᠪᠠᠢᠯ ᠠ᠃
ᠮᠡᠷᠭᠡᠵᠢᠯ ᠦᠨ ᠦᠨᠡᠲᠦ ᠮᠡᠳᠡᠭᠡᠯᠡᠯ ᠬᠤᠪᠢᠶᠠᠯᠴᠠᠭᠰᠠᠨ ᠴᠢᠩᠭᠢᠰ ᠬᠠᠭᠠᠨ ᠦᠨᠳᠦᠰᠦᠨ ᠦ ᠮᠦᠽᠧᠢ ᠶᠢᠨ ᠵᠠᠬᠢᠷᠤᠯ᠂ ᠠᠺᠠᠳᠧᠮᠢᠴᠢ ᠰ ∙ ᠴᠢᠯᠠᠭᠤᠨ᠂ ᠤᠳᠤᠷᠢᠳᠤᠯᠭ ᠠ ᠶᠢᠨ ᠪᠠᠭ ᠪᠣᠯᠤᠨ ᠬᠠᠮᠲᠤ ᠣᠯᠣᠩ ᠳᠤ ᠭᠦᠨ ᠲᠠᠯᠠᠷᠬᠠᠯ ᠢᠯᠡᠷᠬᠡᠢᠯᠡᠶ ᠡ᠃


ᠪᠠᠶᠢᠭᠠᠯᠢ ᠶ᠋ᠢᠨ ᠲᠡᠦᢈᠡ ᠶ᠋ᠢᠨ ᠮᠦᠽᠧᠢ ᠒᠐᠒᠕ ᠣᠨ