ᠪᠠᠶᠢᠭᠠᠯᠢ ᠶ᠋ᠢᠨ ᠲᠡᠦᢈᠡ ᠶ᠋ᠢᠨ ᠮᠦᠽᠧᠢ

ᠪᠠᠢᠭᠠᠯ ᠤᠨ ᠲᠡᠦᠬᠡ ᠶᠢᠨ ᠮᠦᠽᠧᠢ ᠶᠢᠨ ᠵᠠᠬᠢᠷᠤᠯ᠂ ᠳ᠋ᠣᠺᠲ᠋ᠣᠷ ᠨ ∙ ᠮᠠᠴᠤᠤᠶᠢ᠂ ᠮᠣᠩᠭᠣᠯ ᠤᠨ ᠭᠡᠷᠡᠯ ᠵᠢᠷᠤᠭᠴᠢᠳ ᠤᠨ ᠨᠢᠭᠡᠳᠦᠭᠰᠡᠨ ᠬᠣᠯᠪᠣᠭᠠᠨ ᠤ ᠶᠡᠷᠦᠩᠬᠡᠢᠯᠡᠭᠴᠢ ᠼ ∙ ᠪᠠᠲᠤᠪᠠᠭᠠᠲᠤᠷ ᠨᠠᠷ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠯ ᠠ᠃

᠒᠐᠒᠕ᠤᠨ ᠑᠐ᠰᠠᠷ᠎ᠠ ᠶᠢᠨ ᠒᠐

ᠪᠠᠢᠭᠠᠯ ᠤᠨ ᠲᠡᠦᠬᠡ ᠶᠢᠨ ᠮᠦᠽᠧᠢ ᠶᠢᠨ ᠵᠠᠬᠢᠷᠤᠯ᠂ ᠳ᠋ᠣᠺᠲ᠋ᠣᠷ ᠨ ∙ ᠮᠠᠴᠤᠤᠶᠢ᠂ ᠮᠣᠩᠭᠣᠯ ᠤᠨ ᠭᠡᠷᠡᠯ ᠵᠢᠷᠤᠭᠴᠢᠳ ᠤᠨ ᠨᠢᠭᠡᠳᠦᠭᠰᠡᠨ ᠬᠣᠯᠪᠣᠭᠠᠨ ᠤ ᠶᠡᠷᠦᠩᠬᠡᠢᠯᠡᠭᠴᠢ ᠼ ∙ ᠪᠠᠲᠤᠪᠠᠭᠠᠲᠤᠷ ᠨᠠᠷ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠯ ᠠ᠃
ᠰᠠᠨᠠᠮᠵᠢ ᠪᠢᠴᠢᠭ ᠦᠨ ᠬᠦᠷᠢᠶᠡᠨ ᠳᠦ ᠲᠠᠯ ᠠ ᠨᠤᠭᠤᠳ ᠬᠠᠮᠲᠤ ᠶᠢᠨ ᠠᠵᠢᠯᠯᠠᠭ ᠠ ᠶᠢ ᠪᠠᠨ ᠥᠷᠭᠡᠵᠢᠭᠦᠯᠵᠦ᠂ ᠮᠣᠩᠭᠣᠯ ᠤᠨ ᠦᠵᠡᠰᠬᠦᠯᠡᠩᠲᠦ ᠪᠠᠢᠭᠠᠯᠢ᠂ ᠵᠡᠷᠯᠢᠭ ᠠᠨ ᠠᠮᠢᠲᠠᠨ᠂ ᠤᠷᠭᠤᠮᠠᠯ ᠤᠨ ᠭᠡᠷᠡᠯ ᠵᠢᠷᠤᠭ ᠢ ᠮᠦᠽᠧᠢ ᠶᠢᠨ ᠦᠵᠡᠭᠦᠯᠦᠯᠭᠡ ᠳᠢᠭᠯᠡᠯᠲᠡ ᠳᠦ ᠠᠰᠢᠭᠯᠠᠬᠤ ᠶᠢᠨ ᠵᠡᠷᠭᠡᠴᠡᠭᠡ ᠬᠠᠮᠲᠤᠷᠠᠭᠰᠠᠨ ᠲᠦᠷᠢ ᠦᠵᠡᠰᠬᠦᠯᠡᠩ ᠵᠣᠬᠢᠶᠠᠨ ᠪᠠᠢᠭᠤᠯᠬᠤ ᠪᠠᠷ ᠲᠣᠬᠢᠷᠠᠯᠴᠠᠪᠠ᠃
ᠪᠠᠢᠭᠠᠯ ᠤᠨ ᠲᠡᠦᠬᠡ ᠶᠢᠨ ᠮᠦᠽᠧᠢ᠂ ᠮᠣᠩᠭᠣᠯ ᠤᠨ ᠭᠡᠷᠡᠯ ᠵᠢᠷᠤᠭᠴᠢᠳ ᠤᠨ ᠨᠢᠭᠡᠳᠦᠭᠰᠡᠨ ᠬᠣᠯᠪᠣᠭ ᠠ ᠪᠣᠯᠤᠨ ᠶᠠᠫᠣᠨ ᠤᠯᠤᠰ ᠤᠨ ᠡᠮᠡᠭᠲᠡᠢ ᠭᠡᠷᠡᠯ ᠵᠢᠷᠤᠭᠴᠢᠳ ᠬᠠᠮᠲᠤᠷᠠᠨ 2025 ᠣᠨ ᠤ 09 ᠳᠦᠭᠡᠷ ᠰᠠᠷ ᠠ ᠶᠢᠨ 22 ᠨᠣᠣᠰᠣ 10 ᠳ᠋ᠤᠭᠠᠷ ᠰᠠᠷ ᠠ ᠶᠢᠨ 10 ᠤ ᠡᠳᠦᠷ ᠦᠳ ᠲᠦ 《ᠵᠢᠮ ᠪᠠ ᠵᠢᠭᠦᠷ》 ᠲᠦᠷᠢ ᠦᠵᠡᠰᠬᠦᠯᠡᠩ ᠢ ᠵᠣᠬᠢᠶᠠᠨ ᠪᠠᠢᠭᠤᠯᠵᠤ ᠪᠠᠢᠭ ᠠ ᠪᠠ ᠲᠤᠰ ᠦᠵᠡᠰᠬᠦᠯᠡᠩ ᠳᠦ ᠵᠡᠷᠯᠢᠭ ᠠᠨ ᠠᠮᠢᠲᠠᠨ ᠤ ᠲᠤᠬᠠᠢ᠂ ᠲᠡᠷᠡ ᠳᠤᠮᠳᠠ ᠪᠠᠨ ᠰᠢᠪᠠᠭᠤᠳ ᠤᠨ ᠶᠢᠷᠲᠢᠨᠴᠦ ᠶᠢ ᠬᠠᠷᠠᠭᠤᠯᠤᠭᠰᠠᠨ 90 ᠣᠷᠴᠢᠮ ᠭᠡᠷᠡᠯ ᠵᠢᠷᠤᠭ ᠢ ᠣᠯᠠᠨ ᠨᠡᠢᠲᠡ ᠳᠦ ᠳᠡᠯᠭᠡᠨ ᠦᠵᠡᠭᠦᠯᠵᠦ ᠪᠠᠢᠨ ᠠ᠃

ᠪᠠᠶᠢᠭᠠᠯᠢ ᠶ᠋ᠢᠨ ᠲᠡᠦᢈᠡ ᠶ᠋ᠢᠨ ᠮᠦᠽᠧᠢ ᠒᠐᠒᠕ ᠣᠨ