
ᠪᠠᠢᠭᠠᠯ ᠤᠨ ᠲᠡᠦᠬᠡ ᠶᠢᠨ ᠮᠦᠽᠧᠢ ᠡᠴᠡ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠢᠭᠤᠯᠳᠠᠭ 《ᠪᠠᠢᠭᠠᠯ ᠤᠨ ᠥᠪ ᠰᠤᠳᠤᠯᠤᠯ》 ᠡᠷᠳᠡᠮ ᠰᠢᠨᠵᠢᠯᠡᠭᠡᠨ ᠦ ᠬᠤᠷᠠᠯ ᠠᠮᠵᠢᠯᠲᠠᠲᠠᠢ ᠵᠣᠬᠢᠶᠠᠨ ᠪᠠᠢᠭᠤᠯᠤᠭᠳᠠᠵᠤ ᠪᠠᠢᠭᠠᠯ ᠤᠨ ᠤᠬᠠᠭᠠᠨ᠂ ᠭᠧᠣᠯᠣᠭᠢ᠂ ᠫᠠᠯᠧᠣᠨᠲ᠋ᠣᠯᠣᠭᠢ᠂ ᠭᠠᠵᠠᠷᠵᠦᠢ᠂ ᠮᠦᠽᠧᠢ ᠰᠤᠶᠤᠯ ᠤᠨ ᠥᠪ ᠰᠤᠳᠤᠯᠤᠯ ᠴᠢᠭᠯᠡᠯ ᠢᠶᠡᠷ ᠡᠷᠳᠡᠮᠲᠡᠨ ᠰᠤᠳᠤᠯᠤᠭᠠᠴᠢᠳ ᠢᠯᠡᠳᠬᠡᠯ ᠲᠠᠯᠪᠢᠵᠤ᠂ ᠰᠤᠳᠤᠯᠭᠠᠨ ᠤ ᠠᠵᠢᠯ ᠤᠨ ᠠᠷᠭ ᠠ ᠪᠠᠷᠢᠯ᠂ ᠦᠷ ᠡ ᠳᠦᠩ᠂ ᠰᠢᠨᠵᠢᠯᠡᠬᠦ ᠤᠬᠠᠭᠠᠨ ᠤ ᠠᠴᠢ ᠬᠣᠯᠪᠣᠭᠳᠠᠯ ᠤᠨ ᠲᠠᠯ ᠠ ᠪᠠᠷ ᠬᠡᠯᠡᠯᠴᠡᠭᠦᠯᠭᠡ ᠬᠢᠯ ᠡ᠃
ᠤᠭ ᠡᠷᠳᠡᠮ ᠰᠢᠨᠵᠢᠯᠡᠭᠡᠨ ᠦ ᠬᠤᠷᠠᠯ ᠳᠤ ᠣᠷᠣᠯᠴᠠᠭᠰᠠᠨ ᠰᠤᠳᠤᠯᠭᠠᠨ ᠤ ᠠᠵᠢᠯ ᠤᠳ ᠨᠢ ᠪᠠᠢᠭᠠᠯ ᠤᠨ ᠥᠪ ᠰᠤᠳᠤᠯᠤᠯ ᠪᠦᠲᠦᠭᠡᠯ ᠳᠦ ᠨᠡᠢᠲᠡᠯᠡᠭᠳᠡᠵᠦ ᠣᠯᠠᠨ ᠤ ᠬᠦᠷᠲᠡᠯ ᠡ ᠪᠣᠯᠳᠠᠭ ᠪᠢᠯᠡ᠃
ᠬᠤᠷᠠᠯ ᠳᠤ ᠣᠷᠣᠯᠴᠠᠭᠰᠠᠨ ᠪᠦᠬᠦ ᠡᠷᠳᠡᠮᠲᠡᠨ ᠰᠤᠳᠤᠯᠤᠭᠠᠴᠢ ᠨᠠᠷᠠᠲᠤ ᠪᠠᠨ ᠴᠢᠨᠠᠭᠰᠢᠳᠠ ᠶᠢᠨ ᠰᠤᠳᠤᠯᠭᠠᠨ ᠤ ᠠᠵᠢᠯ ᠳᠤ ᠨᠢ ᠥᠨᠳᠥᠷ ᠠᠮᠵᠢᠯᠲᠠ ᠬᠦᠰᠡᠶ ᠡ᠃