
ᠮᠣᠩᠭᠣᠯ ᠪᠠᠬᠠᠷᠬᠠᠯ ᠰᠣᠶᠤᠯ ᠤ᠋ᠨ ᠪᠦᠲᠦᢉᠡᠯᠴᠢ ᠰᠠᠷ ᠠ ᠠᠶᠠᠨ ᠤ᠋ ᢈᠦᠷᠢᠶᠡᠨ ᠳ᠋ᠦ ᠦᠨᠳᠦᠰᠦᠨ ᠦ᠋ ᠪᠠᠬᠠᠷᠬᠠᠯᠲᠤ ᠠᠮᠢᠲᠠᠨ ᠮᠠᠵᠠᠭᠠᠯᠠᠢ ᠪᠠᠭᠠᠪᠠᠭᠠᠢ ᢈᠥᠲᠦᠯᠪᠦᠷᠢ ᠳ᠋ᠦ ᠲᠧᠻᠨᠢᢉ ᠲᠧᠻᠨᠣᠯᠣᢉᠢ ᠶ᠋ᠢᠨ ᠫᠣᠯᠢᠲ᠋ᠧᠻᠨᠢᢉ ᠻᠣᠯᠯᠧᠵᠢ ᠶ᠋ᠢᠨ ᠰᠤᠷᠤᠯᠴᠠᠭᠴᠢ ᠳ᠋ᠤ ᠬᠠᠮᠤᠷᠤᠭᠳᠠᠯ ᠢ᠋ᠶᠠᠨ ᠰᠣᠶᠤᠯ ᠤ᠋ᠨ ᠪᠦᠲᠦᢉᠡᠯᠴᠢ ᠰᠠᠷ ᠠ ᠠᠶᠠᠨ ᠤ᠋ ᠒ ᠳ᠋ᠠᢈᠢ ᠳᠣᠯᠤᠭ ᠠ ᠬᠣᠨᠤᠭ ᠲᠤ ᠪᠠᠶᠢᠭᠠᠯᠢ ᠶ᠋ᠢᠨ ᠲᠡᠦᢈᠡ ᠶ᠋ᠢᠨ ᠮᠦᠽᠧᠢ ᠨᠢ ᠦᠨᠳᠦᠰᠦᠨ ᠦ᠋ ᠪᠠᠬᠠᠷᠬᠠᠯᠲᠤ ᠮᠠᠽᠠᠭᠠᠯᠠᠢ ᠪᠠᠭᠠᠪᠠᠭᠠᠢ ᠶ᠋ᠢ ᠲᠠᠨᠢᠭᠤᠯᠬᠤ ᠠᠵᠢᠯ ᠤ᠋ᠨ ᢈᠦᠷᠢᠶᠡᠨ ᠳ᠋ᠦ ᠮᠣᠩᠭᠣᠯ ᠤᠯᠤᠰ ᠤ᠋ᠨ ᠶᠡᠷᠦᠩᢈᠡᠶᠢᠯᠡᢉᠴᠢ ᠶ᠋ᠢᠨ ᠲᠠᠮᠠᠭ ᠠ ᠶ᠋ᠢᠨ ᠭᠠᠵᠠᠷ᠂ ᠪᠠᠶᠢᠭᠠᠯᠢ ᠣᠷᠴᠢᠨ᠂ ᠠᠭᠤᠷ ᠠᠮᠢᠰᠬᠤᠯ ᠤ᠋ᠨ ᠥᢉᠡᠷᠡᠴᠢᠯᠡᠯᠲᠡ ᠶ᠋ᠢᠨ ᠶᠠᠮᠤᠨ ᠤ᠋ ᠰᠠᠨᠠᠭᠠᠴᠢᠯᠠᠭ ᠠ ᠪᠠᠷ ᠨᠡᠶᠢᠰᠯᠡᠯ ᠦ᠋ᠨ ᠪᠣᠯᠪᠠᠰᠤᠷᠠᠯ ᠤ᠋ᠨ ᠭᠠᠵᠠᠷ᠂ ᠪᠠᠶᠢᠭᠠᠯᠢ ᠣᠷᠴᠢᠨ ᠤ᠋ ᠮᠡᠳᠡᢉᠡᠯᠡᠯ ᠰᠤᠷᠭᠠᠯᠲᠠ ᠶ᠋ᠢᠨ ᠲᠥᠪ ᠲᠡᠢ ᠬᠠᠮᠲᠤᠷᠠᠨ ᢈᠡᠷᠡᢉᠵᠢᢉᠦᠯᠵᠦ ᠪᠠᠶᠢᠨ ᠠ᠃ “ᠮᠠᠵᠠᠭᠠᠯᠠᠢ ᠪᠠᠭᠠᠪᠠᠭᠠᠢ ᠶ᠋ᠢ ᠲᠠᠨᠢᠭᠤᠯᠬᠤ ᠮᠦᠽᠧᠢ ᠶ᠋ᠢᠨ ᠰᠤᠷᠭᠠᠯᠲᠠ ᠶ᠋ᠢᠨ ᢈᠥᠲᠦᠯᠪᠦᠷᠢ ᠳ᠋ᠦ” ᠲᠧᢈᠨᠢᢉ ᠲᠧᠻᠨᠤᠯᠤᢉᠢ ᠶ᠋ᠢᠨ ᠫᠣᠯᠢᠲ᠋ᠧᢉᠨᠢᢉ ᠻᠣᠯᠯᠧᠵᠢ-ᠡᠶᠢᠨ I᠂ᠹ᠂ II᠂ᠹ᠂ III ᠠᠩ ᠤ᠋ᠨ ᠗᠒᠓ ᠰᠤᠷᠤᠯᠴᠠᠭᠴᠢ ᠠᠮᠵᠢᠯᠲᠠᠲᠠᠢ ᠬᠠᠮᠤᠷᠤᠭᠳᠠᠯ ᠠ᠃ ᢈᠥᠲᠦᠯᠪᠦᠷᠢ ᠨᠢ ᠮᠦᠽᠧᠢ ᠶ᠋ᠢᠨ ᠡᠮᠦᠨᠡᢈᠢ ᢈᠢᠴᠢᠶᠡᠯ᠂ ᠮᠦᠽᠧᠢ ᠶ᠋ᠢᠨ ᠰᠤᠷᠭᠠᠯᠲᠠ᠂ ᠮᠦᠽᠧᠢ ᠶ᠋ᠢᠨ ᠳᠠᠷᠠᠭᠠᢈᠢ ᠰᠤᠷᠤᠭᠴᠢᠳ ᠤ᠋ᠨ ᠣᠷᠤᠯᠴᠠᠭᠠᠨ ᠳ᠋ᠤ ᠲᠤᠯᠭᠠᠭᠤᠷᠯᠠᠭᠰᠠᠨ ᠴᠣᠭᠴᠠ ᠰᠤᠷᠭᠠᠯᠲᠠ ᠶ᠋ᠢᠨ ᠠᠷᠭᠠᠴᠢᠯᠠᠯ ᠢ᠋ᠶᠠᠷ ᠵᠣᢈᠢᠶᠠᠨ ᠪᠠᠶᠢᠭᠤᠯᠤᠭᠳᠠᠭᠰᠠᠨ ᠢ᠋ᠶᠠᠷ ᠢ᠋ᠶᠠᠨ ᠣᠨᠴᠠᠯᠢᠭ ᠪᠠᠶᠢᠪᠠ᠃ ᠮᠠᠵᠠᠭᠠᠯᠠᠢ ᠪᠠᠭᠠᠪᠠᠭᠠᠢ ᠪᠣᠯ ᠳᠡᠯᠡᢈᠡᠢ ᠳ᠋ᠦ ᠵᠥᠪᢈᠡᠨ ᠮᠣᠩᠭᠣᠯ ᠤ᠋ᠨ ᠭᠣᠪᠢ ᠳ᠋ᠤ ᠦᠯᠡᠳᠡᢉᠰᠡᠨ ᠨᠡᠩ ᠬᠣᠪᠤᠷ ᠠᠮᠢᠲᠠᠨ ᠶᠤᠮ᠃ ᠲᠡᢉᠦᠨ ᠢ᠋ ᠬᠠᠶᠢᠷᠠᠯᠠᠨ ᠬᠠᠮᠠᠭᠠᠯᠠᠬᠤ ᠨᠢ ᠵᠥᠪᢈᠡᠨ ᠪᠠᠶᠢᠭᠠᠯᠢ ᠬᠠᠮᠠᠭᠠᠯᠠᠭᠴᠢᠳ ᠤ᠋ᠨ ᠪᠤᠰᠤ ᠬᠠᠷᠢᠨ ᠪᠢᠳᠡᠨ ᠦ᠋ ᠢᠷᠡᢉᠡᠳᠦᠢ ᠪᠣᠯᠤᠭᠰᠠᠨ ᠰᠤᠷᠤᠭᠴᠢ ᠪᠦᠷᠢ ᠶ᠋ᠢᠨ ᠬᠠᠷᠢᠭᠤᠴᠠᠯᠭ ᠠ ᢉᠡᠳᠡᢉ ᠢ᠋ ᠡᠨᠡ ᠰᠤᠷᠭᠠᠯᠲᠠ ᠤᠷᠮ ᠠ ᠵᠣᠷᠢᠭᠲᠠᠢ ᠪᠠᠷ ᠲᠠᠨᠢᠭᠤᠯᠤᠯ ᠠ᠃ ᠡᠶᠢᠮᠦ ᠠᠴᠢ ᠬᠣᠯᠪᠤᠭᠳᠠᠯ ᠲᠠᠢ ᠰᠤᠷᠭᠠᠯᠲᠠ᠂ ᠠᠶᠠᠯᠠᠯ ᠢ᠋ ᠠᠮᠵᠢᠯᠲᠠᠲᠠᠢ ᠵᠣᢈᠢᠶᠠᠨ ᠪᠠᠶᠢᠭᠤᠯᠤᠭᠰᠠᠨ ᠪᠦᢈᠦ ᠪᠠᠶᠢᠭᠤᠯᠤᠯᠭ ᠠ᠂ ᠪᠠᠭᠰᠢ ᠨᠠᠷ᠂ ᠰᠤᠷᠤᠭᠴᠢᠳ ᠲᠤ ᠪᠠᠨ ᠴᠢᠩ ᠰᠡᠳᢈᠢᠯ ᠦ᠋ᠨ ᠲᠠᠯᠠᠷᠬᠠᠯ ᠢᠯᠡᠷᢈᠡᠶᠢᠯᠡᠶ ᠡ! ᠮᠠᠵᠠᠭᠠᠯᠠᠢ - ᠮᠣᠩᠭᠣᠯ ᠤ᠋ᠨ ᠪᠠᠬᠠᠷᠬᠠᠯ᠂ ᠪᠢᠳᠡᠨ ᠦ᠋ ᠬᠠᠷᠢᠭᠤᠴᠠᠯᠭ ᠠ!