
ᠮᠣᠩᠭᠣᠯ ᠪᠠᠬᠠᠷᠬᠠᠯ ᠰᠣᠶᠤᠯ ᠤ᠋ᠨ ᠪᠦᠲᠦᢉᠡᠯᠴᠢ ᠰᠠᠷ ᠠ ᠠᠶᠠᠨ ᠦᠨᠳᠦᠰᠦᠨ ᠦ᠋ ᠪᠠᠬᠠᠷᠬᠠᠯᠲᠤ ᠠᠮᠢᠲᠠᠨ ᠮᠠᠵᠠᠭᠠᠯᠠᠢ ᠪᠠᠭᠠᠪᠠᠭᠠᠢ ᢈᠥᠲᠦᠯᠪᠦᠷᠢ ᠳ᠋ᠦ ᠨᠡᠶᠢᠰᠯᠡᠯ ᠦ᠋ᠨ ᠨᠠᠯᠠᠶᠢᠬᠤ ᠳᠡᢉᠦᠷᢉᠡ ᠶ᠋ᠢᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠨᠤᠭᠤᠳ ᠤ᠋ᠨ ᠠᠬᠠᠯᠠᠬᠤ ᠠᠩᢉᠢ ᠶ᠋ᠢᠨ ᠰᠤᠷᠤᠭᠴᠢᠳ ᠬᠠᠮᠤᠷᠤᠭᠳᠠᠯ ᠢ᠋ᠶᠠᠨ ᠰᠣᠶᠤᠯ ᠤ᠋ᠨ ᠪᠦᠲᠦᢉᠡᠯᠴᠢ ᠰᠠᠷ ᠠ ᠠᠶᠠᠨ ᠤ᠋ ᢈᠦᠷᠢᠶᠡᠨ ᠳ᠋ᠦ ᠪᠠᠶᠢᠭᠠᠯᠢ ᠶ᠋ᠢᠨ ᠲᠡᠦᢈᠡ ᠶ᠋ᠢᠨ ᠮᠦᠽᠧᠢ ᠨᠢ ᠦᠨᠳᠦᠰᠦᠨ ᠦ᠋ ᠪᠠᠬᠠᠷᠬᠠᠯᠲᠤ ᠮᠠᠵᠠᠭᠠᠯᠠᠢ ᠪᠠᠭᠠᠪᠠᠭᠠᠢ ᠶ᠋ᠢ ᠲᠠᠨᠢᠭᠤᠯᠬᠤ ᠠᠵᠢᠯ ᠤ᠋ᠨ ᢈᠦᠷᠢᠶᠡᠨ ᠳ᠋ᠦ ᠮᠣᠩᠭᠣᠯ ᠤᠯᠤᠰ ᠤ᠋ᠨ ᠶᠡᠷᠦᠩᢈᠡᠶᠢᠯᠡᢉᠴᠢ ᠶ᠋ᠢᠨ ᠲᠠᠮᠠᠭ ᠠ ᠶ᠋ᠢᠨ ᠭᠠᠵᠠᠷ᠂ ᠪᠠᠶᠢᠭᠠᠯᠢ ᠣᠷᠴᠢᠨ᠂ ᠠᠭᠤᠷ ᠠᠮᠢᠰᠬᠤᠯ ᠤ᠋ᠨ ᠥᢉᠡᠷᠡᠴᠢᠯᠡᠯᠲᠡ ᠶ᠋ᠢᠨ ᠶᠠᠮᠤᠨ ᠤ᠋ ᠰᠠᠨᠠᠭᠠᠴᠢᠯᠠᠭ ᠠ ᠪᠠᠷ ᠨᠡᠶᠢᠰᠯᠡᠯ ᠦ᠋ᠨ ᠪᠣᠯᠪᠠᠰᠤᠷᠠᠯ ᠤ᠋ᠨ ᠭᠠᠵᠠᠷ᠂ ᠪᠠᠶᠢᠭᠠᠯᠢ ᠣᠷᠴᠢᠨ ᠤ᠋ ᠮᠡᠳᠡᢉᠡᠯᠡᠯ ᠰᠤᠷᠭᠠᠯᠲᠠ ᠶ᠋ᠢᠨ ᠲᠥᠪ ᠲᠡᠢ ᠬᠠᠮᠲᠤᠷᠠᠨ ᢈᠡᠷᠡᢉᠵᠢᢉᠦᠯᠵᠦ ᠪᠠᠶᠢᠨ ᠠ᠃ ᠲᠤᠰ ᢈᠥᠲᠦᠯᠪᠦᠷᠢ ᠶ᠋ᠢᠨ ᠦᠢᠯᠡ ᠠᠵᠢᠯᠯᠠᠭᠠᠨ ᠳ᠋ᠤ ᠪᠠᠶᠢᠭᠠᠯᠢ ᠶ᠋ᠢᠨ ᠲᠡᠦᢈᠡ ᠶ᠋ᠢᠨ ᠮᠦᠽᠧᠢ ᠶ᠋ᠢᠨ ᠪᠣᠯᠪᠠᠰᠤᠷᠠᠯ᠂ ᠮᠠᠷᠻᠧᠲ᠋ᠢᠩ ᠤ᠋ᠨ ᢈᠡᠯᠲᠡᠰ ᠦ᠋ᠨ ᠳᠠᠷᠤᠭ ᠠ ᠲ᠂ ᠮᠥᠩᢈᠡᠲᠦ᠋ᠪᠰᠢᠨ᠂ ᠨᠠᠯᠠᠶᠢᠬᠤ ᠳᠡᢉᠦᠷᢉᠡ ᠶ᠋ᠢᠨ ᠨᠡᠶᠢᢉᠡᠮ ᠦ᠋ᠨ ᢈᠥᢉᠵᠢᠯ ᠦ᠋ᠨ ᢈᠡᠯᠲᠡᠰ ᠦ᠋ᠨ ᠳᠠᠷᠤᠭ ᠠ ᠮᠠ᠂ ᠪᠠᠲᠤᠲᠤᠯᠭ ᠠ᠂ ᠪᠣᠯᠪᠠᠰᠤᠷᠠᠯ ᠤ᠋ᠨ ᢈᠡᠯᠲᠡᠰ ᠦ᠋ᠨ ᠮᠡᠷᢉᠡᠵᠢᠯᠲᠡᠨ ᠴ᠂ ᠳᠠᠸᠠᠵᠢᠷᠭᠠᠯ ᠨᠠᠷ ᠣᠷᠤᠯᠴᠠᠯ ᠠ᠃ ᠮᠠᠵᠠᠭᠠᠯᠠᠢ ᠪᠠᠭᠠᠪᠠᠭᠠᠢ ᠪᠣᠯ ᠳᠡᠯᠡᢈᠡᠢ ᠳ᠋ᠦ ᠵᠥᠪᢈᠡᠨ ᠮᠣᠩᠭᠣᠯ ᠤ᠋ᠨ ᠭᠣᠪᠢ ᠳ᠋ᠤ ᠦᠯᠡᠳᠡᢉᠰᠡᠨ ᠨᠡᠩ ᠬᠣᠪᠤᠷ ᠠᠮᠢᠲᠠᠨ ᠶᠤᠮ᠃ ᠲᠡᢉᠦᠨ ᠢ᠋ ᠬᠠᠶᠢᠷᠠᠯᠠᠨ ᠬᠠᠮᠠᠭᠠᠯᠠᠬᠤ ᠨᠢ ᠵᠥᠪᢈᠡᠨ ᠪᠠᠶᠢᠭᠠᠯᠢ ᠬᠠᠮᠠᠭᠠᠯᠠᠭᠴᠢᠳ ᠤ᠋ᠨ ᠪᠤᠰᠤ ᠬᠠᠷᠢᠨ ᠪᠢᠳᠡᠨ ᠦ᠋ ᠢᠷᠡᢉᠡᠳᠦᠢ ᠪᠣᠯᠤᠭᠰᠠᠨ ᠰᠤᠷᠤᠭᠴᠢ ᠪᠦᠷᠢ ᠶ᠋ᠢᠨ ᠬᠠᠷᠢᠭᠤᠴᠠᠯᠭ ᠠ ᢉᠡᠳᠡᢉ ᠢ᠋ ᠡᠨᠡ ᠰᠤᠷᠭᠠᠯᠲᠠ ᠤᠷᠮ ᠠ ᠵᠣᠷᠢᠭᠲᠠᠢ ᠪᠠᠷ ᠲᠠᠨᠢᠭᠤᠯᠤᠯ ᠠ᠃ ᠡᠶᠢᠮᠦ ᠠᠴᠢ ᠬᠣᠯᠪᠤᠭᠳᠠᠯ ᠲᠠᠢ ᠰᠤᠷᠭᠠᠯᠲᠠ᠂ ᠠᠶᠠᠯᠠᠯ ᠢ᠋ ᠠᠮᠵᠢᠯᠲᠠᠲᠠᠢ ᠵᠣᢈᠢᠶᠠᠨ ᠪᠠᠶᠢᠭᠤᠯᠤᠭᠰᠠᠨ ᠪᠦᢈᠦ ᠪᠠᠶᠢᠭᠤᠯᠤᠯᠭ ᠠ᠂ ᠪᠠᠭᠰᠢ ᠨᠠᠷ᠂ ᠰᠤᠷᠤᠭᠴᠢᠳ ᠲᠤ ᠪᠠᠨ ᠴᠢᠩ ᠰᠡᠳᢈᠢᠯ ᠦ᠋ᠨ ᠲᠠᠯᠠᠷᠬᠠᠯ ᠢᠯᠡᠷᢈᠡᠶᠢᠯᠡᠶ ᠡ! ᠮᠠᠵᠠᠭᠠᠯᠠᠢ - ᠮᠣᠩᠭᠣᠯ ᠤ᠋ᠨ ᠪᠠᠬᠠᠷᠬᠠᠯ᠂ ᠪᠢᠳᠡᠨ ᠦ᠋ ᠬᠠᠷᠢᠭᠤᠴᠠᠯᠭ ᠠ!