
ᠨᠡᠶᠢᠲᠡ ᠪᠡᠷ ᠲᠡᠮᠳᠡᠭᠯᠡᠬᠦ ᠪᠠᠶᠠᠷ ᠤᠨ ᠪᠣᠯᠤᠨ ᠲᠡᠮᠳᠡᠭᠯᠡᠯᠲᠡ ᠡᠳᠦᠷ ᠦᠳ ᠦᠨ ᠲᠤᠬᠠᠶ ᠬᠠᠤᠯᠢ ᠶᠢᠨ 5·2᠂ 7·1 ᠳ᠋ᠡᠬᠢ ᠵᠢᠭᠠᠯᠲᠠ ᠶᠢ ᠲᠤᠰᠠ ᠲᠤᠰᠠ ᠦᠨᠳᠦᠰᠦᠯᠡᠨ ᠮᠣᠩᠭᠤᠯ ᠤᠯᠤᠰ ᠤᠨ ᠵᠠᠰᠠᠭ ᠤᠨ ᠭᠠᠵᠠᠷ ᠤᠨ 2019 ᠣᠨ ᠤ «ᠵᠢᠷᠤᠮ ᠪᠠᠲᠤᠯᠠᠬᠤ ᠲᠤᠬᠠᠶ» 204 ᠊ᠳ᠋ᠦᠭᠡᠷ ᠲᠣᠭᠲᠠᠭᠠᠯ ᠢᠶᠠᠷ «ᠰᠣᠶᠤᠯ᠂ ᠤᠷᠠᠯᠢᠭ ᠤᠨ ᠠᠵᠢᠯᠲᠠᠨ ᠤ ᠡᠳᠦᠷ»-ᠡᠶᠢᠭ ᠵᠢᠯ ᠪᠦᠷᠦᠶ ᠶᠢᠨ 9 ᠊ᠳ᠋ᠦᠭᠡᠷ ᠰᠠᠷ ᠠ ᠶᠢᠨ 2 ᠳᠠᠬᠢ ᠳᠣᠯᠤᠭ ᠠ ᠬᠣᠨᠤᠭ ᠤᠨ ᠨᠢᠮ ᠠ ᠭᠠᠷᠢᠭ ᠲᠤ ᠦᠨᠳᠦᠰᠦᠨ ᠦ ᠬᠡᠮᠵᠢᠶᠡᠨ ᠳᠦ ᠲᠡᠮᠳᠡᠭᠯᠡᠵᠦ ᠪᠠᠶᠢᠬᠤ ᠪᠠᠷ ᠲᠣᠭᠲᠠᠭᠰᠠᠨ ᠠᠴᠠ ᠬᠣᠶᠢᠰᠢ ᠥᠨᠦᠳᠦᠷ 32 ᠳᠠᠬᠢ ᠨᠠᠮᠤᠷ ᠲᠠᠢ ᠪᠠᠨ ᠵᠣᠯᠭᠠᠵᠤ ᠪᠠᠶᠢᠨ ᠠ᠃ ᠡᠨᠡᠬᠦ ᠲᠡᠮᠳᠡᠭᠯᠡᠯᠲᠡ ᠡᠳᠦᠷ ᠨᠢ ᠳᠡᠯᠡᠬᠡᠶ ᠳᠠᠶᠠᠭᠠᠷ ᠲᠠᠷᠬᠠᠨ ᠰᠠᠭᠤᠭ ᠠ ᠰᠣᠶᠤᠯ᠂ ᠤᠷᠠᠯᠢᠭ ᠤᠨ ᠰᠠᠯᠪᠤᠷᠢ ᠳᠤ ᠬᠦᠴᠦᠨ ᠵᠢᠳᠬᠦᠵᠦ ᠪᠤᠢ ᠬᠦᠮᠦᠨ ᠪᠦᠷᠦᠶ ᠶᠢᠨ ᠡᠵᠡᠮᠰᠢᠭᠰᠡᠨ ᠮᠡᠷᠭᠡᠵᠢᠯ᠂ ᠡᠷᠬᠢᠯᠡᠵᠦ ᠪᠤᠢ ᠠᠵᠢᠯ ᠢᠶᠠᠷ ᠢᠶᠠᠨ ᠪᠠᠬᠠᠷᠬᠠᠬᠤ᠂ ᠣᠮᠤᠭᠰᠢᠬᠤ᠂ ᠦᠯᠢᠭᠡᠷᠯᠡᠨ ᠲᠠᠨᠢᠭᠤᠯᠬᠤ᠂ ᠲᠦᠭᠦᠴᠢᠭᠡᠯᠡᠨ ᠥᠪᠯᠡᠭᠦᠯᠬᠦ ᠪᠠᠬᠠᠷᠬᠠᠯ ᠳᠤ ᠡᠳᠦᠷ ᠶᠠᠭᠤᠮ ᠠ᠃
ᠦᠨᠳᠦᠰᠦᠨ ᠦ ᠣᠶᠤᠨ ᠰᠠᠨᠠᠭᠠᠨ ᠤ ᠳᠠᠷᠬᠠᠯᠠᠭᠠᠨ ᠤ ᠨᠢᠭᠡᠨ ᠬᠡᠰᠡᠭ ᠪᠣᠯᠤᠭᠰᠠᠨ ᠪᠠᠶᠢᠭᠠᠯᠢ ᠶᠢᠨ ᠥᠪᠦᠶᠢᠭ ᠴᠤᠭᠯᠠᠭᠤᠯᠵᠤ᠂ ᠰᠤᠳᠠᠯᠤᠨ ᠰᠢᠨᠵᠢᠯᠡᠵᠦ᠂ ᠥᠪ ᠤᠯᠠᠮᠵᠢᠯᠠᠯ ᠢᠶᠠᠨ ᠬᠠᠳᠠᠭᠠᠯᠠᠨ ᠬᠠᠮᠠᠭᠠᠯᠠᠬᠤ᠂ ᠲᠦᠭᠡᠭᠡᠨ ᠳᠡᠯᠭᠡᠷᠡᠭᠦᠯᠬᠦ ᠶᠡᠬᠡ ᠦᠢᠯᠡᠰ ᠲᠦ ᠥᠭᠡᠷ ᠡ ᠶᠢᠨ ᠠᠪᠢᠶᠠᠰ ᠪᠢᠯᠢᠭ᠂ ᠣᠶᠤᠨ ᠤᠬᠠᠭᠠᠨ᠂ ᠬᠦᠴᠦ ᠬᠥᠳᠡᠯᠮᠦᠷᠢ ᠪᠡᠨ ᠵᠣᠷᠢᠭᠤᠯᠤᠭᠰᠠᠭᠠᠷ ᠢᠷᠡᠭᠰᠡᠨ ᠰᠣᠶᠤᠯ᠂ ᠤᠷᠠᠯᠢᠭ ᠤᠨ ᠰᠠᠯᠪᠤᠷᠢ ᠶᠢᠨ ᠠᠵᠢᠯᠲᠠᠨ᠂ ᠠᠯᠪᠠᠨ ᠬᠠᠭᠠᠭᠴᠢ᠂ ᠤᠷᠠᠨ ᠪᠦᠲᠦᠭᠡᠯᠴᠢ᠂ ᠡᠷᠳᠡᠮᠲᠡᠨ ᠰᠤᠳᠤᠯᠤᠭᠠᠴᠢ᠂ ᠥᠪᠯᠡᠨ ᠤᠯᠠᠮᠵᠢᠯᠠᠭᠴᠢ ᠲᠠ ᠪᠦᠬᠦᠨ ᠳᠦ ᠪᠡᠨ ᠰᠣᠶᠤᠯ᠂ ᠤᠷᠠᠯᠢᠭ ᠤᠨ ᠠᠵᠢᠯᠲᠠᠨ ᠤ ᠡᠳᠦᠷ ᠦᠨ ᠪᠠᠶᠠᠷ ᠤᠨ ᠮᠡᠨᠳᠦ ᠶᠢ ᠬᠦᠷᠭᠡᠶ ᠡ